2020 ᠣᠨ ᠤ 11 ᠰᠠᠷ᠎ᠠ ᠶ᠋ᠢᠨ 16 ᠤ ᠡᠳᠦᠷ ᠦᠨ 7 ᠴᠠᠭ ᠡᠴᠡ
11 ᠰᠠᠷ᠎ᠠ ᠶ᠋ᠢᠨ 17 ᠤ ᠡᠳᠦᠷ ᠦᠨ 7 ᠴᠠᠭ ᠪᠣᠯᠲᠠᠯ᠎ᠠ᠄
·ᠦᠪᠦᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ ᠳ᠋ᠦ ᠰᠢᠨ᠎ᠡ ᠪᠡᠷ ᠨᠡᠮᠡᠭᠳᠡᠭᠰᠡᠨ
ᠲᠤᠳᠤᠯᠠᠭᠰᠠᠨ ᠡᠪᠡᠳᠴᠢᠨ ᠤ ᠵᠢᠱᠢᠶ᠎ᠠ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠᠢᠢᠬᠤ ᠦᠭᠡᠢ᠃
ᠡᠳᠡᠭᠡᠷᠡᠵᠦ ᠡᠮᠨᠡᠯᠭᠡ ᠡᠴᠡ ᠭᠠᠷᠤᠭᠰᠠᠨ ᠡᠪᠡᠳᠴᠢᠨ ᠤ ᠵᠢᠱᠢᠶ᠎ᠡ 4︵ᠴᠦᠮ
ᠨᠡᠢᠢᠰᠯᠡᠯ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠳᠠ ᠪᠡᠷ ᠬᠦᠬᠡᠬᠤᠳᠠ ᠵᠢᠨ
ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠦ ᠪᠠᠭᠤᠭᠰᠠᠨ︶᠃
2020 ᠤᠨ ᠤ 11 ᠰᠠᠷ᠎ᠠ ᠵᠢᠨ 17 ᠤ ᠡᠳᠦᠷ ᠤᠨ 7 ᠴᠠᠭ ᠪᠤᠯᠳᠠᠯ᠎ᠠ᠂ ᠬᠢᠯᠢ ᠵᠢᠨ ᠭᠠᠳᠠᠨ᠎ᠠ ᠡᠴᠡ ᠤᠷᠤᠵᠦ
ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ 20᠂ ᠰᠡᠵᠢᠭᠯᠡᠯᠲᠡᠢ ᠡᠪᠡᠳᠴᠢᠨ ᠤ ᠵᠢᠱᠢᠶ᠎ᠡ 1 ᠪᠠᠢᠢᠵᠤ᠂ ᠪᠦᠬᠦᠨ ᠢ ᠲᠤᠬᠳᠠᠬᠰᠠᠨ ᠡᠮᠨᠡᠯᠬᠡ ᠵᠢᠨ ᠬᠤᠷᠢᠶ᠎ᠠ ᠳ᠋ᠦ
ᠲᠤᠰᠠᠭᠠᠷᠯᠠᠨ ᠡᠮᠴᠢᠯᠡᠵᠦ᠂ ᠨᠢᠬᠳᠠ ᠤᠢᠢᠷᠠᠳᠤᠬᠰᠠᠳ ᠢ ᠨᠢ ᠴᠦᠮ ᠲᠤᠬᠳᠠᠬᠰᠠᠨ ᠭᠠᠵᠠᠷ ᠲᠦᠪᠯᠡᠷᠡᠬᠦᠯᠦᠨ
ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠲᠠ ᠬᠢᠵᠦ᠂ ᠪᠦᠬᠦ ᠶᠠᠪᠤᠴᠠ ᠳᠤ ᠪᠢᠳᠡᠬᠦᠮᠵᠢᠯᠡᠭᠰᠡᠨ ᠬᠠᠮᠢᠶᠠᠷᠤᠯᠳᠠ ᠬᠢᠵᠦ᠂ ᠬᠢᠵᠢᠭ
ᠲᠠᠷᠬᠠᠬᠤ ᠵᠢ ᠴᠢᠩᠭ᠎ᠠ ᠰᠡᠷᠭᠡᠢᠢᠯᠡᠵᠦ ᠪᠤᠢ᠃
·2020
ᠣᠨ ᠤ 11 ᠰᠠᠷ᠎ᠠ ᠶ᠋ᠢᠨ 16 ᠤ ᠡᠳᠦᠷ ᠦᠨ 24 ᠴᠠᠭ
ᠪᠣᠯᠲᠠᠯ᠎ᠠ᠂ ᠦᠪᠦᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ ᠳ᠋ᠦ ᠡᠪᠡᠳᠴᠢᠨ ᠤ ᠢᠯᠡᠷᠡᠯ ᠦᠬᠡᠢ
ᠬᠠᠯᠳᠠᠪᠤᠷᠢᠯᠠᠭᠰᠠᠳ ᠪᠠᠢᠢᠬᠤ ᠦᠭᠡᠢ᠃
ᠪᠦᠬᠦ ᠤᠯᠤᠰ ᠤᠨ ᠬᠢᠵᠢᠭ ᠤᠨ ᠪᠠᠢᠢᠳᠠᠯ
·2020
ᠤᠨ ᠤ 11 ᠰᠠᠷ᠎ᠠ ᠵᠢᠨ16 ᠤ ᠡᠳᠦᠷ ᠤᠨ 24 ᠴᠠᠭ ᠪᠤᠯᠲᠠᠯ᠎ᠠ᠂ ᠪᠦᠬᠦ ᠤᠯᠤᠰ ᠲᠡᠬᠢ ᠰᠢᠨ᠎ᠠ ᠲᠢᠲᠢᠮᠯᠢᠢᠡ᠋
ᠠᠭᠤᠰᠬᠢᠨ ᠦᠷᠪᠢᠰᠦᠯ ᠤᠨ ᠳᠤᠳᠤᠯᠠᠭᠰᠠᠨ ᠡᠪᠡᠳᠴᠢᠨ ᠤ ᠵᠢᠱᠢᠶ᠎ᠠ ᠳᠦᠷᠦᠬᠦᠦ ᠡᠳᠦᠷ ᠡᠴᠡ ᠪᠡᠨ 15 ᠨᠡᠮᠡᠭᠳᠡᠪᠡ᠂ ᠪᠦᠬᠦᠨ ᠵᠢᠡᠷ ᠵᠢᠡᠨ ᠬᠢᠯᠢ
ᠵᠢᠨ ᠭᠠᠳᠠᠨ᠎ᠠ ᠡᠴᠡ ᠤᠷᠤᠵᠦ ᠢᠷᠡᠭᠰᠡᠨ ᠡᠪᠡᠳᠴᠢᠨ ᠤ ᠵᠢᠱᠢᠶ᠎ᠡ︵ᠰᠧᠴᠤᠸᠠᠨ ᠳᠦ 6᠂ ᠱᠠᠩᠬᠠᠢ ᠳᠦ
4᠂ ᠭᠤᠸᠠᠩᠳᠦᠢᠩ ᠳᠦ 3᠂ ᠲᠢᠶᠠᠨᠵᠢᠨ ᠳᠦ 1᠂ ᠱᠠᠨᠳᠦᠢᠩ ᠳᠦ 1︶ᠨᠡᠮᠡᠭᠳᠡᠵᠡᠢ᠃
·ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ ᠰᠡᠵᠢᠭᠯᠡᠯᠳᠡᠢ ᠡᠪᠡᠳᠴᠢᠨ ᠤ
ᠵᠢᠱᠢᠶ᠎ᠡ ᠨᠡᠮᠡᠭᠳᠡᠭᠰᠡᠨ ᠦᠭᠡᠢ᠃