2020 ᠤᠨ ᠤ11 ᠰᠠᠷ᠎ᠠ ᠵᠢᠨ 21᠋ ᠤ ᠡᠳᠦᠷ ᠤᠨ16 ᠴᠠᠭ ᠡᠴᠡ11 ᠰᠠᠷ᠎ᠠ ᠵᠢᠨ 22᠋ ᠤᠨ ᠡᠳᠦᠷ ᠤᠨ 9 ᠴᠠᠭ ᠪᠤᠯᠳᠠᠯ᠎ᠠ᠂ ᠦᠪᠦᠷ ᠮᠤᠩᠭᠤᠯ ᠳᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠤᠨᠤᠰᠢᠯᠠᠭᠰᠠᠨ ᠡᠪᠡᠳᠴᠢᠨ ᠦ ᠵᠢᠱᠢᠶ᠎ᠡ ᠪᠠ ᠰᠡᠵᠢᠭᠯᠡᠯᠳᠠᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂1ᠡᠪᠡᠳᠴᠢᠳᠡᠨ ᠢᠯᠡᠷᠢᠰᠢᠵᠦ ᠡᠮᠨᠡᠯᠭᠡ ᠡᠴᠡ ᠭᠠᠷᠪᠠ︵ᠪᠡᠭᠡᠵᠢᠩ ᠳᠦ ᠬᠦᠷᠬᠦ ᠤᠯᠠᠨ ᠤᠯᠤᠰ ᠤᠨ ᠠᠶᠠᠨᠴᠢᠨ ᠤ ᠨᠢᠰᠬᠡᠯ ᠢ ᠲᠠᠷᠬᠠᠭᠠᠨ ᠪᠠᠭᠤᠯᠭᠠᠬᠤ ᠬᠠᠮᠢᠶ᠎ᠠ ᠪᠦᠬᠦᠢ ᠪᠠᠢᠢᠷᠢᠯᠠᠭᠤᠯᠤᠯᠳᠠ ᠪᠡᠷ ᠬᠦᠬᠡᠬᠤᠳᠠ ᠵᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠦ ᠪᠠᠭᠤᠭᠰᠠᠨ ᠡᠪᠡᠳᠴᠢᠨ ᠤ ᠵᠢᠱᠢᠶ᠎ᠡ ᠪᠤᠯᠤᠨ᠎ᠠ︶᠃
2020 ᠤᠨ ᠤ11ᠰᠠᠷ᠎ᠠ ᠶᠢᠨ 22᠋ ᠤᠨ ᠡᠳᠦᠷ ᠤᠨ 9 ᠴᠠᠭ ᠪᠣᠯᠲᠠᠯ᠎ᠠ᠂ ᠮᠠᠨᠵᠤᠤᠷ ᠬᠤᠳᠠ ᠳᠦ ᠤᠳᠤ ᠲᠤᠬᠠᠢ ᠵᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 2 ᠪᠤᠢ᠂ ᠨᠢᠭᠡᠨᠳᠡ ᠮᠠᠨᠵᠤᠤᠷ ᠬᠤᠳᠠ ᠵᠢᠨ ᠲᠤᠭᠳᠠᠭᠰᠠᠨ ᠡᠮᠨᠡᠯᠭᠡ ᠵᠢᠨ ᠬᠣᠷᠢᠶᠠᠨ ᠳ᠋ᠤ ᠲᠤᠰᠠᠭᠠᠷᠯᠠᠨ ᠡᠮᠨᠡᠵᠦ᠂ ᠳᠠᠬᠤᠯ ᠡᠪᠡᠳᠴᠢᠨ ᠤ ᠰᠤᠳᠤᠯᠤᠯ ᠤᠨ ᠪᠠᠢᠢᠴᠠᠭᠠᠯᠳᠠ ᠪᠠ ᠡᠬᠢ ᠡᠭᠦᠰᠦᠯ ᠢ ᠨᠢ ᠡᠷᠢᠬᠦ ᠠᠵᠢᠯ ᠢ ᠵᠡᠷᠭᠡ ᠪᠡᠷ ᠶᠠᠪᠤᠭᠳᠠᠭᠤᠯᠵᠦ ᠪᠠᠢᠢᠨ᠎ᠠ᠃ ᠪᠦᠬᠦᠢᠢᠯᠡ ᠮᠦᠷᠳᠡᠵᠦ ᠤᠯᠤᠭᠰᠠᠨ ᠨᠢᠭᠳᠠ ᠤᠢᠢᠷᠠᠳᠤᠭᠰᠠᠳ ᠪᠠ ᠨᠢᠭᠳᠠ ᠤᠢᠢᠷᠠᠳᠤᠭᠰᠠᠳ ᠤᠨ ᠨᠢᠭᠳᠠ ᠤᠢᠢᠷᠠᠳᠤᠭᠰᠠᠳ ᠢ ᠴᠦᠮ ᠲᠤᠰᠠᠭᠠᠷᠯᠠᠬᠤ ᠵᠢᠨ ᠬᠠᠮᠳᠦ ᠪᠦᠬᠡᠮ ᠬᠦᠴᠢᠯ ᠤᠨ ᠪᠠᠢᠢᠴᠠᠭᠠᠯᠳᠠ ᠬᠢᠵᠦ᠂ ᠦᠷ᠎ᠡ ᠳᠦᠢᠩ ᠨᠢ ᠪᠦᠷ ᠪᠢᠯᠢᠭ ᠴᠢᠨᠠᠷ ᠪᠤᠯᠤᠨ᠎ᠠ᠃ ᠤᠳᠤᠬᠠᠨ ᠳᠦ ᠮᠠᠨᠵᠤᠤᠷ ᠬᠤᠳᠠ ᠪᠦᠬᠦ ᠬᠤᠳᠠ ᠵᠢᠨ ᠰᠠᠭᠤᠭᠠᠯᠢ ᠠᠷᠠᠳ ᠤᠨ ᠪᠦᠬᠦ ᠬᠦᠮᠦᠰ ᠤᠨ ᠪᠥᠭᠡᠮ ᠬᠦᠴᠢᠯ ᠦᠨ ᠪᠠᠢᠢᠴᠠᠭᠠᠯᠳᠠ ᠬᠢᠬᠦ ᠠᠵᠢᠯ ᠢ ᠵᠤᠬᠢᠶᠠᠨ ᠪᠠᠢᠢᠭᠤᠯᠤᠨ ᠦᠷᠨᠢᠬᠦᠯᠵᠦ᠂ ᠬᠤᠯᠪᠤᠭᠳᠠᠯ ᠪᠦᠬᠦᠢ ᠠᠵᠢᠯ ᠢ ᠡᠮᠬᠢ ᠳᠢᠭᠯᠢᠮ ᠲᠡᠶ ᠦᠷᠨᠢᠬᠦᠯᠵᠦ ᠪᠠᠢᠢᠨ᠎ᠠ᠃
ᠤᠳᠤ ᠬᠢᠯᠢ ᠵᠢᠨ ᠭᠠᠳᠠᠨ᠎ᠠ ᠡᠴᠡ ᠤᠷᠤᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ16 ᠪᠤᠢ᠂ ᠪᠦᠬᠦᠨ ᠢ ᠲᠤᠭᠳᠠᠭᠰᠠᠨ ᠡᠮᠨᠡᠯᠭᠡ ᠵᠢᠨ ᠬᠣᠷᠢᠶᠠᠨ ᠳ᠋ᠤ ᠲᠤᠰᠠᠭᠠᠷᠯᠠᠨ ᠡᠮᠨᠡᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠦ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠳᠠ ᠋ᠬᠢᠵᠦ ᠪᠤᠢ᠂ ᠪᠦᠬᠦ ᠶᠠᠪᠤᠴᠠ ᠳᠦ ᠪᠢᠲᠡᠭᠦᠮᠵᠢᠯᠡᠭᠰᠡᠨ ᠬᠠᠮᠢᠶᠠᠷᠤᠯᠲᠠ ᠵᠢ ᠬᠡᠷᠡᠭᠵᠢᠭᠦᠯᠵᠤ᠂ ᠬᠢᠵᠢᠭ ᠤᠨ ᠪᠠᠢᠢᠳᠠᠯ ᠤᠨ ᠲᠠᠷᠬᠠᠨ ᠳᠡᠯᠭᠡᠷᠡᠬᠦ ᠢᠢ ᠴᠢᠩᠭ᠎ᠠ ᠰᠡᠷᠭᠡᠢᠢᠯᠡᠵᠦ ᠪᠠᠢᠢᠨ᠎ᠠ᠃
2020 ᠤᠨ ᠤ11ᠰᠠᠷ᠎ᠠ ᠵᠢᠨ 21᠋ ᠤ ᠡᠳᠦᠷ ᠤᠨ 24 ᠴᠠᠭ ᠪᠤᠯᠳᠠᠯ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠦ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢ ᠮᠡᠳᠡᠬᠦᠯᠦᠭᠰᠡᠨ ᠦᠭᠡᠢ᠃